《Oracle》 ᠺᠣᠷᠫᠣᠷᠠᠼᠢ᠂ 《ᠰᠣᠹᠲᠯᠠᠢ ᠶᠢᠨ ᠠᠽᠢᠶ᠎ᠠ》 ᠬᠬᠺ ᠂ ᠮᠣᠩᠭᠣᠯ ᠤᠨ 《CIO》 ᠺᠯᠤᠶᠢᠪ ᠬᠠᠮᠲᠤᠷᠠᠨ 《BIG DATA》 ᠴᠢᠭᠤᠯᠭ᠎ᠠ ᠠᠭᠤᠯᠵᠠᠯᠲᠠ ᠶᠢ 2016 ᠣᠨ ᠤ 10 ᠰᠠᠷ᠎ᠠ ᠶᠢᠨ 14 ᠍ ᠦ ᠡᠳᠦᠷ 《Gegeenten entertainment center》 – ᠲ ᠵᠣᠬᠢᠶᠠᠨ ᠪᠠᠶᠢᠭᠤᠯᠤᠭᠰᠠᠨ ᠪᠢᠯᠡ᠃
ᠳᠡᠯᠡᠬᠡᠢ ᠳᠡᠭᠡᠷᠡᠬᠢ ᠳᠠᠲ᠋ᠠ- ᠭᠡᠶᠢᠨ 90% ᠨᠢ ᠰᠡᠭᠦᠯ ᠦᠨ 2 ᠵᠢᠯ ᠳᠦ ᠡᠭᠦᠰᠦᠭᠰᠡᠨ ᠪᠠ ᠨᠡᠶᠢᠲᠡ ᠳᠠᠲᠠᠨ ᠤ 0.5% ᠪᠣᠯᠪᠠᠰᠤᠷᠠᠭᠤᠯᠤᠭᠳᠠᠨ᠂ ᠨᠢᠭᠡᠳᠦᠭᠰᠡᠨ ᠵᠣᠬᠢᠶᠠᠨ ᠪᠠᠶᠢᠭᠤᠯᠤᠯᠲᠠᠨ ᠳᠤ ᠣᠷᠣᠭᠰᠠᠨ ᠭᠡᠰᠡᠨ ᠲᠣᠭ᠎ᠠ ᠪᠠᠶᠢᠳᠠᠭ ᠨᠢ 《BIG DATA》 ᠍ ᠶᠢᠨ ᠠᠰᠠᠭᠤᠳᠠᠯ᠂ ᠰᠢᠢᠳᠦᠯ ᠢ ᠬᠡᠯᠡᠯᠴᠡᠬᠦ ᠴᠠᠭ ᠠᠯᠢ ᠬᠡᠳᠦᠶᠢᠨ ᠢᠷᠡᠭᠰᠡᠨ ᠭᠡᠳᠡᠭ ᠢ ᠬᠠᠷᠠᠭᠤᠯᠵᠤ ᠪᠠᠶᠢᠨ᠎ᠠ᠃ ᠳᠠᠲᠠᠭ ᠪᠣᠯᠪᠠᠰᠤᠷᠠᠭᠤᠯᠬᠤ᠂ ᠥᠭᠭᠥᠭᠳᠡᠯ ᠦᠨ ᠰᠠᠩ ᠢ ᠵᠣᠬᠢᠶᠠᠨ ᠪᠠᠶᠢᠭᠤᠯᠬᠤ ᠲᠧᠭᠨᠣᠯᠣᠭᠢ ᠶᠢᠨ ᠰᠢᠢᠳᠦᠯ ᠢᠶᠡᠷ ᠲᠡᠷᠢᠭᠦᠯᠡᠭᠴᠢ ᠨᠢ 《Oracle》 ᠺᠣᠷᠫᠣᠷᠠᠼᠢ ᠭᠡᠳᠡᠭ ᠲᠡᠢ ᠰᠠᠨᠠᠯ ᠨᠡᠶᠢᠯᠡᠬᠦ ᠪᠠᠶᠢᠬᠤ᠃
ᠲᠡᠶᠢᠮᠦ ᠡᠴᠡ 《Oracle》 ᠪᠣᠯᠤᠨ ᠮᠣᠩᠭᠣᠯ ᠤᠨ ᠮᠡᠳᠡᠭᠡᠯᠡᠯ ᠲᠧᠭᠨᠣᠯᠣᠭᠢ ᠶᠢᠨ ᠮᠡᠷᠭᠡᠵᠢᠯᠲᠡᠨ ᠨᠦᠭᠦᠳ ᠮᠣᠩᠭᠣᠯ ᠳᠤ 《BIG DATA》 – ᠡᠶᠢᠨ ᠲᠠᠯᠠᠭᠠᠷᠬᠢ ᠣᠶᠢᠯᠠᠭᠠᠯᠲᠠ᠂ ᠬᠢᠭᠳᠡᠵᠦ ᠪᠤᠢ ᠠᠵᠢᠯ ᠤᠳ ᠪᠣᠯᠤᠨ ᠲᠤᠯᠭᠠᠷᠴᠢ ᠪᠤᠢ ᠠᠰᠠᠭᠤᠳᠠᠯ ᠤᠳ ᠤᠨ ᠲᠠᠯ᠎ᠠ ᠪᠠᠷ ᠬᠡᠯᠡᠯᠴᠡᠵᠦ ᠲᠥᠷᠥ ᠶᠢᠨ ᠪᠠᠶᠢᠭᠤᠯᠤᠯᠭ᠎ᠠ ᠨᠤᠭᠤᠳ ᠤᠨ ᠮᠡᠳᠡᠭᠡᠯᠡᠯ ᠦᠨ ᠰᠠᠩ ᠤᠨ ᠤᠶᠠᠯᠳᠤᠭ᠎ᠠ ᠬᠣᠯᠪᠣᠭ᠎ᠠ ᠶᠢ ᠰᠠᠶᠢᠵᠢᠷᠠᠭᠤᠯᠬᠤ ᠪᠣᠯᠤᠨ ᠳᠠᠲ᠋ᠠ ᠲᠠᠢ ᠠᠵᠢᠯᠯᠠᠬᠤ ᠳᠤ ᠬᠦᠮᠦᠨ ᠦ ᠨᠥᠭᠡᠴᠡ ᠶᠢ ᠴᠢᠳᠠᠪᠤᠷᠢᠵᠢᠭᠤᠯᠬᠤ ᠱᠠᠭᠠᠷᠳᠠᠯᠭ᠎ᠠ ᠲᠠᠢ ᠵᠡᠷᠭᠡ ᠣᠯᠠᠨ ᠠᠰᠠᠭᠤᠳᠠᠯ ᠳᠡᠭᠡᠷ᠎ᠡ ᠰᠠᠨᠠᠯ ᠨᠢᠭᠡᠳᠦᠯ᠎ᠡ᠃
ᠴᠢᠭᠤᠯᠭᠠᠨ ᠢᠶᠠᠷ 《Oracle》 ᠺᠣᠷᠫᠣᠷᠠᠼᠢ ᠶᠢᠨ 《BIG DATA》 ᠬᠠᠷᠢᠭᠤᠴᠠᠭᠰᠠᠨ ᠵᠠᠬᠢᠷᠤᠯ ᠨᠢᠺᠢᠲ᠋ᠠ ᠤᠰᠫᠧᠨᠰᠺ ᠦ ᠣᠯᠠᠨ ᠤᠯᠤᠰ ᠤᠨ ᠬᠡᠮᠵᠢᠶᠡᠨ ᠦ ᠲᠤᠷᠰᠢᠯᠭ᠎ᠠ ᠠᠴᠠ ᠪᠠᠨ ᠬᠤᠪᠢᠶᠠᠯᠴᠠᠭᠰᠠᠨ ᠪᠥᠭᠡᠳ 《ᠦᠨᠳᠦᠰᠦᠨ ᠦ ᠳᠠᠲ᠋ᠠ ᠲᠥᠪ》 ᠤᠲᠦᠭ ᠲᠥᠷᠦ ᠶᠢᠨ ᠪᠠᠶᠢᠭᠤᠯᠤᠯᠭ᠎ᠠ ᠨᠤᠭᠤᠳ ᠤᠨ ᠮᠡᠳᠡᠭᠡᠯᠡᠯ ᠰᠣᠯᠢᠯᠴᠠᠭᠠᠨ ᠤ ᠥᠨᠥ ᠶᠢᠨ ᠪᠠᠶᠢᠳᠠᠯ᠂ ᠲᠥᠷᠦ ᠬᠤᠪ ᠤᠨ ᠬᠡᠪᠰᠢᠯ ᠦᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠲᠤᠯᠭᠠᠮᠳᠠᠵᠤ ᠪᠤᠢ ᠠᠰᠠᠭᠤᠳᠠᠯ ᠵᠡᠷᠭᠡ ᠣᠯᠠᠨ ᠠᠰᠠᠭᠤᠳᠠᠯ ᠢᠶᠠᠷ ᠰᠠᠨᠠᠯ ᠰᠣᠯᠢᠯᠴᠠᠨ ᠣᠷᠣᠯᠴᠠᠯ᠎ᠠ᠃