ᠦᠨᠳᠦᠰᠦᠨ ᠦ ᠳ᠋ᠠᠲ᠋ᠠ ᠲᠥᠪ

《DELL》 ᠺᠣᠮᠫᠠᠨᠢ ᠶᠢᠨ ᠲᠥᠯᠥᠭᠡᠯᠡᠭᠴᠢᠳ ᠮᠣᠩᠭᠣᠯ ᠳᠤ ᠢᠷᠡᠨ᠎ᠡ

2016 ᠣᠨ ᠤ 06 ᠳ᠋ᠤᠭᠠᠷ ᠰᠠᠷ᠎ᠠ ᠶᠢᠨ 21᠂ 22- ᠨ ᠤ ᠡᠳᠦᠷ ᠦᠳ ᠲᠦ ᠪᠦᠭᠦᠳᠡ ᠨᠠᠶᠢᠷᠠᠮᠳᠠᠬᠤ ᠹᠢᠯᠢᠫᠫᠠᠨ ᠤᠯᠤᠰ ᠤᠨ ᠮᠠᠨᠢᠯ ᠬᠣᠲᠠᠳ ᠵᠣᠬᠢᠶᠠᠨ ᠪᠠᠶᠢᠭᠤᠯᠤᠭᠳᠠᠭᠰᠠᠨ 《DELL user forum》 ᠠᠷᠭ᠎ᠠ ᠬᠡᠮᠵᠢᠶᠡᠨ ᠳᠦ 《ᠦᠨᠳᠦᠰᠦᠨ ᠦ ᠳᠠᠲ᠋ᠠ ᠲᠥᠪ》 ᠤᠲᠦᠭ ᠤᠨ ᠵᠠᠬᠢᠷᠤᠯ ᠣᠷᠣᠯᠴᠠᠭᠠᠳ ᠢᠷᠡᠭᠰᠡᠨ ᠪᠢᠯᠡ᠃ ᠲᠤᠰ ᠠᠷᠭ᠎ᠠ ᠬᠡᠮᠵᠢᠶ᠎ᠡ ᠨᠢ 《DELL》 ᠍ ᠦᠨ ᠬᠡᠷᠡᠭᠯᠡᠭᠴᠢᠳ ᠲᠦ ᠳᠡᠯᠡᠬᠡᠢ ᠳᠦ ᠰᠡᠭᠦᠯ ᠦᠨ ᠦᠶ᠎ᠡ ᠶᠢᠨ ᠪᠢᠽᠢᠨ᠋ᠧᠰ ᠦᠨ ᠪᠣᠯᠤᠨ ᠮᠡᠳᠡᠭᠡᠯᠡᠯ ᠦᠨ ᠲᠧᠭᠨᠣᠯᠣᠭᠢ ᠶᠢᠨ ᠴᠢᠭᠯᠡᠯ ᠢᠶᠡᠷ ᠨᠡᠪᠲᠡᠷᠡᠴᠢ ᠪᠤᠢ ᠰᠢᠨ᠎ᠡ ᠲᠧᠭᠨᠣᠯᠣᠭᠢ᠂ ᠰᠢᠯᠢᠳᠡᠭ ᠰᠢᠢᠳᠦᠯ ᠦᠳ ᠪᠣᠯᠤᠨ ᠲᠡᠳᠡᠭᠡᠷ ᠦᠨ ᠳᠠᠪᠠᠭᠤ ᠲᠠᠯᠤᠳᠢiᠭ ᠰᠤᠷᠲᠠᠯᠴᠢᠯᠠᠨ ᠲᠠᠨᠢᠭᠤᠯᠬᠤ᠂ 《DELL》 ᠺᠣᠮᠫᠠᠨᠢ ᠶᠢᠨ ᠮᠡᠷᠭᠡᠵᠢᠯᠲᠡᠨ ᠨᠦᠭᠦᠳ ᠲᠡᠢ ᠬᠠᠷᠢᠯᠴᠠᠨ ᠲᠤᠷᠰᠢᠯᠭ᠎ᠠ ᠰᠤᠯᠢᠯᠴᠠᠬᠤ᠂ ᠲᠧᠭᠨᠣᠯᠣᠭᠢ ᠶᠢᠨ ᠴᠠᠭᠠᠰᠢᠳᠠ ᠶᠢᠨ ᠴᠢᠭ ᠬᠠᠨᠳᠤᠯᠭ᠎ᠠ ᠶᠢ ᠲᠠᠨᠢᠯᠴᠠᠭᠤᠯᠬᠤ ᠦᠨᠳᠦᠰᠦᠨ ᠵᠣᠷᠢᠯᠭ᠎ᠠ ᠲᠠᠢ ᠪᠠᠷ ᠶᠠᠪᠤᠭᠳᠠᠭᠰᠠᠨ᠃

ᠤᠭ ᠠᠷᠭ᠎ᠠ ᠬᠡᠮᠵᠢᠶᠡᠨ ᠦ ᠦᠶ᠎ᠡ ᠪᠡᠷ ᠲᠤᠰ ᠲᠥᠪ ᠦᠨ ᠵᠠᠬᠢᠷᠤᠯ ᠲᠧᠭᠨᠣᠯᠣᠭᠢ ᠶᠢᠨ ᠰᠢᠯᠢᠳᠡᠭ ᠰᠢᠢᠳᠦᠯ ᠲᠡᠢ ᠲᠠᠨᠢᠯᠴᠠᠵᠤ 《DELL》 ᠺᠣᠮᠫᠠᠨᠢ ᠶᠢᠨ ᠮᠡᠷᠭᠡᠵᠢᠯᠲᠡᠨ ᠨᠦᠭᠦᠳ ᠲᠡᠢ ᠬᠠᠷᠢᠯᠴᠠᠨ ᠲᠤᠷᠰᠢᠯᠭ᠎ᠠ ᠰᠣᠯᠢᠯᠴᠠᠭᠰᠠᠨ ᠲᠡᠳᠦᠢ ᠦᠭᠡᠢ 《DELL》 ᠺᠣᠮᠫᠠᠨᠢ ᠶᠢᠨ ᠡᠮᠦᠨᠡᠲᠦ ᠠᠽᠢᠶ᠎ᠠ ᠶᠢᠨ ᠪᠤᠰᠤ ᠨᠤᠲᠤᠭ ᠤᠨ ᠡᠭᠦᠯᠡᠨ ᠲᠣᠭᠠᠴᠠᠭᠠᠯᠠᠯ ᠪᠣᠯᠤᠨ ᠶᠡᠬᠡ ᠥᠭᠭᠥᠭᠳᠡᠯ ᠦᠨ ᠫᠷᠠᠺᠲ᠋ᠢᠭ ᠲᠠᠯ᠎ᠠ ᠶᠢ ᠬᠠᠷᠢᠭᠤᠴᠠᠭᠰᠠᠨ ᠤᠳᠤᠷᠢᠳᠬᠤ ᠮᠡᠷᠭᠡᠵᠢᠯᠲᠡᠨ᠂ 3 ᠠᠰᠠᠭ ᠤᠨ ᠭᠠᠵᠠᠷ ᠤᠨ ᠡᠷᠡᠭᠦᠯ ᠮᠡᠨᠳᠦ ᠶᠢᠨ ᠰᠠᠯᠪᠤᠷᠢ ᠶᠢ ᠬᠠᠷᠢᠭᠤᠴᠠᠭᠰᠠᠨ ᠤᠳᠤᠷᠢᠳᠬᠤ ᠠᠯᠪᠠᠨ ᠲᠤᠰᠢᠶᠠᠯᠲᠠᠨ ᠨᠣᠶᠠᠨ ᠷᠠᠵᠤ ᠴᠧᠯᠠᠮ /Raju Chellam/ ᠍ ᠳᠦ ᠮᠣᠩᠭᠣᠯ ᠤᠯᠤᠰ ᠲᠤ ᠵᠣᠴᠢᠯᠠᠬᠤ᠂ ᠮᠡᠳᠡᠭᠡᠯᠡᠯ ᠦᠨ ᠲᠧᠭᠨᠣᠯᠣᠭᠢ ᠶᠢᠨ ᠬᠥᠭᠵᠢᠯᠲᠡᠢ ᠲᠠᠨᠢᠯᠴᠠᠬᠤ ᠤᠷᠢᠯᠭ᠎ᠠ ᠬᠦᠷᠭᠡᠭᠦᠯᠦᠭᠰᠡᠨ ᠢ ᠨᠣᠶᠠᠨ ᠷᠠᠵᠤ ᠴᠧᠯᠠᠮ ᠪᠠᠶᠠᠷᠲᠠᠢ ᠪᠠᠷ ᠬᠦᠯᠢᠶᠡᠨ ᠠᠪᠴᠤ 《DELL》 ᠺᠣᠮᠫᠠᠨᠢ ᠶᠢᠨ ᠬᠣᠯᠪᠣᠭᠳᠠᠬᠤ ᠲᠥᠯᠥᠭᠡᠯᠡᠭᠴᠢᠳ ᠦᠨ ᠬᠠᠮᠲᠤ ᠮᠠᠨ ᠤ ᠤᠯᠤᠰ ᠲᠤ ᠡᠨᠡ ᠣᠨ ᠤ 09 ᠳᠤᠭ ᠢᠶᠡᠷ ᠰᠠᠷ᠎ᠠ ᠳᠤ ᠬᠤᠷᠡᠯᠴᠡᠨ ᠢᠷᠡᠬᠦ ᠪᠡᠷ ᠪᠣᠯᠤᠯ᠎ᠠ᠃

《DELL》 ᠺᠣᠮᠫᠠᠨᠢ ᠶᠢᠨ ᠲᠥᠯᠥᠭᠡᠯᠡᠭᠴᠢᠳ ᠢ ᠢᠷᠡᠬᠦ ᠦᠶ᠎ᠡ ᠪᠡᠷ ᠮᠣᠩᠭᠣᠯ ᠤᠯᠤᠰ ᠳᠠᠬᠢ 《DELL》 ᠍ ᠶᠢᠨ ᠠᠯᠪᠠᠨ ᠶᠣᠰᠣᠨ ᠤ ᠲᠥᠯᠥᠭᠡᠯᠡᠭᠴᠢ ᠶᠢᠨ ᠭᠠᠵᠠᠷ᠃ 《ᠦᠨᠳᠦᠰᠦᠨ ᠦ ᠳᠠᠲ᠋ᠠ ᠲᠥᠪ》 ᠤᠲᠦᠭ ᠪᠣᠯᠤᠨ ᠪᠤᠰᠤᠳ ᠪᠠᠶᠢᠭᠤᠯᠤᠯᠭ᠎ᠠ ᠨᠤᠭᠤᠳ ᠬᠠᠮᠲᠤᠷᠠᠨ ᠶᠡᠬᠡ ᠥᠭᠭᠥᠭᠳᠡᠯ᠂ ᠡᠭᠦᠯᠡᠨ ᠲᠣᠭᠠᠴᠠᠭᠠᠯᠠᠯ᠂ ᠳᠠᠲ᠋ᠠ ᠲᠥᠪ᠂ ᠴᠠᠬᠢᠮ ᠵᠠᠰᠠᠭᠯᠠᠯ᠂ firewall ᠍ ᠤᠨ ᠲᠠᠯ᠎ᠠ ᠪᠠᠷ ᠬᠡᠯᠡᠯᠴᠡᠬᠦ ᠮᠡᠳᠡᠭᠡᠯᠡᠯ ᠦᠨ ᠲᠧᠭᠨᠣᠯᠣᠭᠢ ᠶᠢᠨ ᠲᠣᠮᠣᠬᠠᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ᠎ᠠ᠃ ᠮᠥᠨ 《DELL》 ᠺᠣᠮᠫᠠᠨᠢ ᠶᠢᠨ ᠲᠥᠯᠦᠭᠡᠯᠡᠭᠴᠢᠳ 《ᠦᠨᠳᠦᠰᠦᠨ ᠦ ᠳᠠᠲ᠋ᠠ ᠲᠥᠪ》 ᠤᠲᠦᠭ ᠲᠠᠢ ᠲᠠᠨᠢᠯᠴᠠᠵᠤ᠂ ᠲᠤᠰ ᠲᠥᠪ ᠦᠨ ᠮᠡᠷᠭᠡᠵᠢᠯᠲᠡᠨ ᠨᠦᠭᠦᠳ ᠲᠡᠢ ᠬᠠᠷᠢᠯᠴᠠᠨ ᠲᠤᠷᠰᠢᠯᠭ᠎ᠠ ᠰᠣᠯᠢᠯᠴᠠᠬᠤ ᠠᠭᠤᠯᠵᠠᠯᠲᠠ ᠶᠢ ᠵᠣᠬᠢᠶᠠᠨ ᠪᠠᠶᠢᠭᠤᠯᠬᠤ ᠪᠠᠷ ᠲᠤᠰ ᠲᠤᠰ ᠲᠥᠯᠦᠪᠯᠡᠭᠡᠳ ᠪᠠᠶᠢᠨ᠎ᠠ᠃