Тᠲᠥᠷᠥ ᠶᠢᠨ ᠪᠠᠶᠢᠭᠤᠯᠤᠯᠭ᠎ᠠ ᠶᠢᠨ ᠮᠡᠳᠡᠭᠡᠯᠡᠯ ᠦᠨ ᠲᠧᠭᠨᠣᠯᠣᠭᠢ ᠶᠢᠨ ᠮᠡᠷᠭᠡᠵᠢᠯᠲᠡᠨ ᠨᠦᠭᠦᠳ 2016 ᠣᠨ ᠤ 10 ᠰᠠᠷ᠎ᠠ ᠶᠢᠨ 07 ᠍ ᠤ ᠡᠳᠦᠷ ᠠᠩᠬ᠎ᠠ ᠤᠳᠤᠭ᠎ᠠ ᠪᠠᠨ 《GOVTECH 2016》 ᠴᠢᠭᠤᠯᠭ᠎ᠠ ᠠᠭᠤᠯᠵᠠᠯᠲᠠ ᠪᠠᠨ ᠬᠢᠯ᠎ᠡ᠃ ᠤᠭ ᠴᠢᠭᠤᠯᠭ᠎ᠠ ᠠᠭᠤᠯᠵᠠᠯᠲᠠ ᠶᠢ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠦᠨ ᠬᠣᠯᠪᠣᠭ᠎ᠠ ᠬᠠᠮᠲᠤᠷᠠᠨ ᠵᠣᠬᠢᠶᠠᠨ ᠪᠠᠶᠢᠭᠤᠯᠤᠭᠰᠠᠨ᠃ ᠡᠬᠡ ᠣᠷᠣᠨ ᠤ ᠪᠠᠨ ᠢᠷᠡᠭᠡᠳᠦᠢ ᠶᠢᠨ ᠬᠥᠭᠵᠢᠯ᠂ ᠡᠳ᠋ ᠍ ᠦᠨ ᠵᠠᠰᠠᠭ ᠢ ᠲᠧᠭᠨᠣᠯᠣᠭᠢ ᠶᠢᠨ ᠬᠢᠯᠪᠠᠷ ᠠᠷᠭ᠎ᠠ ᠪᠠᠷ ᠰᠢᠢᠳᠪᠦᠷᠢᠯᠡᠬᠦ ᠳᠦ ᠭᠣᠣᠯ ᠬᠥᠰᠢᠭᠦᠷᠡᠭ ᠪᠣᠯᠬᠤ ᠴᠠᠬᠢᠮ ᠵᠠᠰᠠᠭᠯᠠᠯ ᠤᠨ ᠲᠣᠭᠲᠠᠯᠴᠠᠭ᠎ᠠ ᠶᠢ ᠬᠡᠷᠬᠢᠨ ᠵᠥᠪ ᠵᠣᠬᠢᠰᠲᠠᠢ ᠪᠦᠷᠢᠳᠦᠭᠦᠯᠬᠦ᠂ ᠲᠥᠰᠦᠪ ᠮᠥᠩᠭᠥ ᠬᠡᠮᠨᠡᠭᠰᠡᠨ ᠰᠢᠢᠳᠦᠯ ᠢᠶᠡᠷ ᠲᠥᠷᠦ ᠶᠢᠨ ᠦᠢᠯᠡᠴᠢᠯᠡᠭᠡ ᠶᠢ ᠢᠷᠭᠡᠳ ᠲᠦ ᠬᠡᠷᠬᠢᠨ ᠲᠦᠷᠭᠡᠨ ᠰᠢᠭᠤᠷᠬᠠᠢ᠂ ᠲᠦᠭᠵᠢᠷᠡᠯ ᠭᠦᠢ ᠪᠠᠰᠠ ᠬᠦᠨᠳᠦ ᠰᠤᠷᠲᠠᠯ ᠦᠭᠡᠢ ᠬᠦᠷᠭᠡᠬᠦ᠂ ᠠᠵᠤ ᠠᠬᠤᠢ ᠶᠢᠨ ᠨᠢᠭᠡᠴᠡ ᠪᠠᠶᠢᠭᠤᠯᠤᠯᠭ᠎ᠠ ᠨᠤᠭᠤᠳ ᠲᠠᠢ ᠬᠡᠷᠬᠢᠨ ᠬᠦᠴᠦ ᠬᠠᠪᠰᠤᠷᠴᠢ ᠠᠵᠢᠯᠯᠠᠪᠠᠯ ᠢᠯᠡᠭᠦᠦ ᠠᠮᠵᠢᠯᠲᠠᠨ ᠳᠤ ᠬᠦᠷᠬᠦ ᠲᠠᠯ᠎ᠠ ᠪᠠᠷ ᠲᠡᠳᠡ ᠬᠠᠷᠢᠯᠴᠠᠨ ᠲᠤᠷᠰᠢᠯᠭ᠎ᠠ ᠪᠠᠨ ᠰᠣᠯᠢᠯᠴᠠᠯᠲᠧᠭᠨᠣᠯᠣᠭᠢ ᠶᠢᠨ ᠮᠡᠷᠭᠡᠵᠢᠯᠲᠡᠨ ᠨᠦᠭᠦᠳ ᠲᠥᠷᠥ ᠶᠢᠨ ᠮᠡᠳᠡᠭᠡᠯᠡᠯ ᠰᠣᠯᠢᠯᠴᠠᠭ᠎ᠠ᠂ ᠲᠥᠷᠥ ᠶᠢᠨ ᠮᠡᠳᠡᠭᠡᠯᠡᠯ ᠦᠨ ᠳᠡᠳ᠋ ᠪᠦᠲᠦᠴᠡ᠂ ᠲᠥᠷᠥ ᠶᠢᠨ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠲᠠᠯ᠎ᠠ ᠪᠠᠷ ᠬᠡᠯᠡᠯᠴᠡᠵᠦ᠂ ‘ᠦᠨᠳᠦᠰᠦᠨ ᠦ ᠳᠠᠲ᠋ᠠ ᠲᠥᠪ’ ᠤᠲᠦᠭ ᠤᠨ ᠵᠦᠭ ᠡᠴᠡ ᠤᠭ ᠠᠷᠭ᠎ᠠ ᠬᠡᠮᠵᠢᠶᠡᠨ ᠳᠦ ᠢᠳᠡᠪᠬᠢ ᠲᠡᠢ ᠣᠷᠣᠯᠴᠠᠭᠰᠠᠨ ᠪᠠ ᠴᠠᠬᠢᠮ ᠵᠠᠰᠠᠭᠯᠠᠯ ᠤᠨ ᠲᠥᠰᠥᠯ ᠦᠳ ᠲᠦ ᠪᠠᠭᠲᠤᠭᠰᠠᠨ ᠲᠥᠷᠥ ᠶᠢᠨ ᠦᠢᠯᠡᠴᠢᠯᠡᠭᠡ ᠶᠢ ᠲᠠᠨᠢᠯᠴᠠᠭᠤᠯᠤᠭᠰᠠᠨ ᠪᠢᠯᠡ᠃