ᠴᠠᠬᠢᠮ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠣᠯᠠᠨ ᠤᠯᠤᠰ ᠤᠨ ᠪᠣᠯᠤᠨ ᠳᠣᠲᠣᠭᠠᠳᠤ ᠶᠢᠨ ᠮᠡᠷᠭᠡᠵᠢᠯᠲᠡᠨ ᠨᠦᠭᠦᠳ ᠲᠡᠢ ᠮᠡᠳᠡᠭᠡᠯᠡᠯ᠂ ᠮᠡᠳᠡᠯᠭᠡ ᠴᠢᠳᠠᠪᠤᠷᠢ ᠪᠠᠨ ᠰᠤᠯᠢᠯᠴᠠᠬᠤ᠂ ᠠᠷᠭ᠎ᠠ ᠲᠤᠷᠰᠢᠯᠭ᠎ᠠ ᠪᠠᠨ ᠬᠤᠪᠢᠶᠠᠯᠴᠠᠬᠤ᠂ ᠰᠢᠨ᠎ᠡ ᠰᠢᠢᠳᠦᠯ᠂ ᠲᠧᠭᠨᠣᠯᠣᠭᠢ ᠲᠠᠢ ᠲᠠᠨᠢᠯᠴᠠᠬᠤ ᠪᠣᠯᠤᠮᠵᠢ ᠨᠤᠭᠤᠳ ᠢ ᠬᠠᠮᠤᠷᠤᠭᠤᠯᠤᠭᠰᠠᠨ 《MNSEC 2016》 ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠡᠳᠦᠷᠯᠢᠭ 9 ᠳᠦᠭᠡᠷ ᠰᠠᠷ᠎ᠠ ᠶᠢᠨ 28-29 –ᠨᠢᠭᠢ ᠡᠳᠦᠷ ᠦᠳ ᠲᠦ 《Corporate Hotel and Convention Center》 – ᠲ 2 ᠡᠳᠦᠷ ᠦᠨ ᠲᠤᠷᠰᠢ ᠠᠮᠵᠢᠯᠲᠠᠲᠠᠢ ᠵᠣᠬᠢᠶᠠᠨ ᠪᠠᠶᠢᠭᠤᠯᠤᠭᠳᠠᠭᠰᠠᠨ ᠪᠢᠯᠡ᠃
ᠲᠤᠰ ᠠᠷᠭ᠎ᠠ ᠬᠡᠮᠵᠢᠶᠡᠨ ᠳᠦ ᠤᠷᠢᠯᠭ᠎ᠠ ᠪᠠᠷ ᠣᠷᠣᠯᠴᠠᠭᠰᠠᠨ ᠢᠨᠲ᠋ᠧᠷᠨᠡᠲ᠂ ᠴᠠᠬᠢᠮ ᠶᠢᠷᠲᠢᠨᠴᠦ ᠶᠢᠨ ᠲᠣᠭᠲᠠᠪᠤᠷᠢᠲᠠᠢ᠂ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠰᠤᠷᠭᠠᠯᠲᠠ᠂ ᠰᠤᠳᠤᠯᠭ᠎ᠠ᠂ ᠦᠢᠯᠡ ᠠᠵᠢᠯᠯᠠᠭ᠎ᠠ ᠶᠠᠪᠤᠭᠤᠯᠳᠠᠭ 《Team Cymru》᠂ APNIC᠂ FIRST᠂ 《Palo Alto NetworksUnit 42》᠂ 《SWITCH-CERT》᠂ 《JPCERT/CC》 ᠵᠡᠷᠭᠡ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠠᠶᠤᠯ ᠦᠭᠡᠢ ᠪᠠᠶᠢᠳᠠᠯ ᠤᠨ ᠮᠡᠷᠭᠡᠵᠢᠯᠲᠡᠨ᠂ ᠰᠤᠳᠤᠯᠤᠭᠠᠴᠢᠳ 2016 ᠣᠨ ᠤ 09 ᠳᠦᠭᠢᠷᠡ 30 ᠍ ᠤ ᠡᠳᠦᠷ 《ᠦᠨᠳᠦᠰᠦᠨ ᠦ ᠳᠠᠲ᠋ᠠ ᠲᠥᠪ》 ᠤᠲᠦᠭ ᠲᠠᠢ ᠲᠠᠨᠢᠯᠴᠠᠵᠤ ᠠᠭᠤᠯᠵᠠᠯᠲᠠ ᠵᠣᠬᠢᠶᠠᠨ ᠪᠠᠶᠢᠭᠤᠯᠤᠯ᠎ᠠ᠃
ᠠᠭᠤᠯᠵᠠᠯᠲᠠ ᠶᠢᠨ ᠬᠦᠷᠢᠶᠡᠨ ᠳᠦ ᠰᠡᠭᠦᠯ ᠦᠨ ᠦᠶ᠎ᠡ ᠶᠢᠨ ᠬᠠᠯᠳᠠᠯᠭ᠎ᠠ ᠶᠢᠨ ᠰᠢᠨᠵᠢᠯᠡᠭᠡ᠂ ᠰᠤᠳᠤᠯᠭᠠᠨ ᠤ ᠦᠷ᠎ᠡ ᠳᠦᠩ ᠢ ᠬᠡᠯᠡᠯᠴᠡᠵᠦ ᠮᠡᠳᠡᠭᠡᠯᠡᠯ ᠲᠧᠭᠨᠣᠯᠣᠭᠢ ᠪᠣᠯᠤᠨ ᠴᠠᠬᠢᠮ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠰᠤᠷᠭᠠᠯᠲᠠ ᠰᠤᠳᠤᠯᠭ᠎ᠠ ᠶᠠᠪᠤᠭᠤᠯᠵᠤ ᠬᠠᠮᠲᠤᠷᠠᠨ ᠠᠵᠢᠯᠯᠠᠬᠤ ᠪᠠᠷ ᠪᠣᠯᠤᠯ᠎ᠠ᠃
