ᠦᠨᠳᠦᠰᠦᠨ ᠦ ᠳ᠋ᠠᠲ᠋ᠠ ᠲᠥᠪ

ᠰᠢᠨ᠎ᠡ ᠵᠢᠯ ᠦᠨ ᠮᠡᠨᠳᠦᠴᠢᠯᠡᠭᠡ

ᠮᠣᠩᠭᠣᠯ ᠤᠨ ᠦᠨᠳᠦᠰᠦᠨ ᠦ ᠳᠠᠲ᠋ᠠ ᠲᠥᠪ ᠦᠨ ᠴᠠᠬᠢᠮ ᠬᠠᠭᠤᠳᠠᠰᠤᠨ ᠳᠤ ᠵᠣᠴᠢᠯᠠᠭᠰᠠᠨ ᠡᠷᠬᠢᠮ ᠬᠡᠷᠡᠭᠯᠡᠭᠴᠢ᠂ ᠬᠠᠮᠲᠤᠷᠠᠨ ᠠᠵᠢᠯᠯᠠᠵᠤ ᠪᠤᠢ ᠲᠠᠨ ᠳᠤ ᠰᠢᠨ᠎ᠡ ᠵᠢᠯ᠂ ᠰᠢᠨ᠎ᠡ ᠣᠨ ᠤ ᠪᠠᠶᠠᠷ ᠤᠨ ᠮᠡᠨᠳᠦ ᠬᠦᠷᠭᠡᠶ᠎ᠡ᠃

ᠮᠡᠳᠡᠭᠡᠯᠡᠯ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠨᠢ ᠮᠡᠳᠡᠭᠡᠯᠡᠯ ᠦᠨ ᠰᠠᠩ ᠪᠠᠶᠢᠭᠤᠯᠬᠤ᠂ ᠲᠡᠳᠡᠭᠡᠷ ᠢ ᠢᠷᠭᠡᠳ ᠪᠣᠯᠤᠨ ᠠᠵᠤ᠂ ᠠᠬᠤᠢ ᠶᠢᠨ ᠨᠢᠭᠡᠴᠡ ᠪᠠᠶᠢᠭᠤᠯᠤᠯᠭ᠎ᠠ ᠲᠠᠢ ᠬᠣᠯᠪᠣᠬᠤ ᠳᠡᠳ᠋ ᠪᠦᠲᠦᠴᠡ ᠶᠢ ᠬᠥᠭᠵᠢᠭᠦᠯᠬᠦ᠂ ᠠᠰᠢᠭᠯᠠᠬᠤ ᠳᠤ ᠬᠢᠯᠪᠠᠷ ᠬᠡᠷᠡᠭᠯᠡᠭᠴᠢᠳ ᠦᠨ ᠫᠷᠣᠭᠷᠠᠮ ᠬᠠᠩᠭᠠᠮᠵᠢ ᠶᠢ ᠬᠥᠭᠵᠢᠭᠦᠯᠬᠦ᠂ ᠮᠡᠳᠡᠭᠡᠯᠡᠯ ᠳᠠᠮᠵᠢᠭᠤᠯᠬᠤ᠂ ᠪᠣᠯᠪᠠᠰᠤᠷᠠᠭᠤᠯᠬᠤ᠂ ᠬᠠᠳᠠᠭᠠᠯᠠᠬᠤ᠂ ᠲᠡᠳᠡᠭᠡᠷ ᠦᠨ ᠠᠶᠤᠯ ᠦᠭᠡᠢ ᠪᠠᠶᠢᠳᠠᠯ᠂ ᠨᠢᠭᠤᠴᠠᠯᠠᠯ ᠬᠠᠮᠠᠭᠠᠯᠠᠯᠲᠠ ᠶᠢᠨ ᠠᠰᠠᠭᠤᠳᠠᠯ ᠳᠤ ᠲᠠᠯᠪᠢᠭᠳᠠᠬᠤ ᠱᠠᠭᠠᠷᠳᠠᠯᠭ᠎ᠠ ᠵᠡᠷᠭᠡ ᠶᠢ ᠬᠠᠩᠭᠠᠭᠰᠠᠨ ᠮᠡᠳᠡᠭᠡᠯᠡᠯ ᠦᠨ ᠴᠣᠭᠴᠠ ᠪᠠᠭᠠᠵᠢ ᠶᠢ ᠪᠤᠢ ᠪᠣᠯᠭᠠᠬᠤ ᠪᠥᠭᠡᠳ ᠡᠨᠡ ᠨᠢ ᠮᠠᠨ ᠤ ᠣᠷᠣᠨ ᠤ᠂ ᠰᠠᠯᠪᠤᠷᠢ ᠶᠢᠨ ᠬᠥᠭᠵᠢᠯ ᠦᠨ ᠨᠢᠭᠡᠨ ᠴᠢᠬᠤᠯᠠ ᠬᠥᠰᠢᠭᠦᠷᠡᠭ ᠶᠤᠮ᠃

ᠡᠨᠡ ᠴᠤ ᠤᠳᠬ᠎ᠠ ᠪᠠᠷ ᠢᠶᠠᠨ ᠰᠠᠯᠪᠤᠷᠢ ᠶᠢᠨ ᠬᠡᠮᠵᠢᠶᠡᠨ ᠳᠦ 2016 ᠣᠨ ᠢ ᠮᠡᠳᠡᠭᠡᠯᠡᠯ ᠦᠨ ᠠᠶᠤᠯ ᠦᠭᠡᠢ ᠪᠠᠶᠢᠳᠠᠯ᠂ ᠢᠨᠲ᠋ᠧᠷᠨᠡᠲ ᠦᠨ ᠵᠣᠬᠢᠰᠲᠠᠢ ᠬᠡᠷᠡᠭᠯᠡᠭᠡ ᠶᠢ ᠳᠡᠮᠵᠢᠬᠦ ᠵᠢᠯ ᠪᠣᠯᠭᠠᠨ ᠵᠠᠷᠯᠠᠭᠰᠠᠨ ᠲᠠᠢ ᠬᠣᠯᠪᠣᠭᠳᠠᠭᠤᠯᠤᠨ ᠲᠤᠰ ᠲᠥᠪ ᠡᠴᠡ ᠣᠯᠠᠨ ᠨᠡᠶᠢᠲᠡ ᠳᠦ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠮᠡᠳᠡᠯᠭᠡ᠂ ᠣᠶᠢᠯᠠᠭᠠᠯᠲᠠ ᠶᠢ ᠪᠤᠢ ᠪᠣᠯᠭᠠᠬᠤ᠂ ᠳᠡᠯᠭᠡᠷᠡᠭᠦᠯᠬᠦ ᠵᠣᠷᠢᠯᠭ᠎ᠠ ᠪᠠᠷ ᠴᠠᠬᠢᠮ ᠠᠶᠤᠯ ᠦᠭᠡᠢ ᠪᠠᠶᠢᠳᠠᠯ ᠤᠨ 《ᠬᠠᠷᠠᠭᠤᠯ ᠵᠠᠩᠭᠢ – 2016》 ᠲᠡᠮᠡᠴᠡᠭᠡᠨ᠂ ᠣᠯᠠᠨ ᠤᠯᠤᠰ ᠤᠨ ᠪᠣᠯᠤᠨ ᠳᠣᠲᠣᠭᠠᠳᠤ ᠶᠢᠨ ᠮᠡᠷᠭᠡᠵᠢᠯᠲᠡᠨ ᠨᠦᠭᠦᠳ ᠲᠡᠢ ᠮᠡᠳᠡᠭᠡᠯᠡᠯ᠂ ᠮᠡᠳᠡᠯᠭᠡ ᠴᠢᠳᠠᠪᠤᠷᠢ ᠪᠠᠨ ᠰᠣᠯᠢᠯᠴᠠᠬᠤ᠂ ᠠᠷᠭ᠎ᠠ ᠲᠤᠷᠰᠢᠯᠭ᠎ᠠ ᠪᠠᠨ ᠬᠤᠪᠢᠶᠠᠯᠴᠠᠬᠤ ᠵᠣᠷᠢᠯᠭ᠎ᠠ ᠪᠠᠷ 《MNSEC 2016》 ᠠᠭᠤᠯᠵᠠᠯᠲᠠ᠂ ᠡᠳᠦᠷᠯᠢᠭ ᠢ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠮᠵᠢᠯᠲᠠᠲᠤ ᠲᠠᠢ ᠵᠣᠬᠢᠶᠠᠨ ᠪᠠᠶᠢᠭᠤᠯᠵᠤ᠂ ᠢᠨᠲ᠋ᠧᠷᠨᠡᠲ᠂ ᠴᠠᠬᠢᠮ ᠶᠢᠷᠲᠢᠨᠴᠦ ᠶᠢᠨ ᠲᠣᠭᠲᠠᠪᠤᠷᠢᠲᠠᠢ᠂ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠠᠶᠤᠯ ᠦᠭᠡᠢ ᠪᠠᠶᠢᠳᠠᠯ ᠤᠨ ᠮᠡᠷᠭᠡᠵᠢᠯᠲᠡᠨ᠂ ᠰᠤᠳᠤᠯᠤᠭᠠᠴᠢᠳ ᠲᠠᠢ ᠠᠭᠤᠯᠵᠠᠯᠲᠠ ᠬᠢᠵᠦ᠂ ᠰᠡᠭᠦᠯ ᠦᠨ ᠦᠶ᠎ᠡ ᠶᠢᠨ ᠬᠠᠯᠳᠠᠯᠭ᠎ᠠ ᠶᠢᠨ ᠰᠢᠨᠵᠢᠯᠡᠭᠡ᠂ ᠰᠤᠳᠤᠯᠭᠠᠨ ᠤ ᠦᠷ᠎ᠡ ᠳ᠋ᠦᠩ ᠢ ᠬᠡᠯᠡᠯᠴᠡᠵᠦ ᠴᠢᠨᠠᠭᠰᠢᠳᠠ ᠮᠡᠳᠡᠭᠡᠯᠡᠯ ᠲᠧᠭᠨᠣᠯᠣᠭᠢ ᠪᠣᠯᠤᠨ ᠴᠠᠬᠢᠮ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠰᠤᠷᠭᠠᠯᠲᠠ᠂ ᠰᠤᠳᠤᠯᠭ᠎ᠠ ᠶᠠᠪᠤᠭᠤᠯᠵᠤ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠮᠥᠨ ᠲᠥᠷᠥ ᠶᠢᠨ ᠮᠡᠳᠡᠭᠡᠯᠡᠯ ᠦᠨ ᠨᠢᠭᠡᠳᠦᠭᠰᠡᠨ ᠰᠠᠩ ᠢ ᠪᠤᠢ ᠪᠣᠯᠭᠠᠵᠤ ᠴᠠᠬᠢᠮ ᠮᠡᠳᠡᠭᠡᠯᠡᠯ ᠦᠨ ᠨᠢᠭᠡᠳᠦᠮᠡᠯ᠂ ᠰᠢᠭᠤᠷᠬᠠᠢ᠂ ᠬᠦᠷᠲᠡᠭᠡᠮᠵᠢᠲᠡᠢ ᠪᠠᠶᠢᠳᠠᠯ ᠢ ᠬᠠᠩᠭᠠᠬᠤ ᠦᠨᠳᠦᠰᠦᠨ ᠴᠢᠭ ᠡᠭᠦᠷᠭᠡ ᠶᠢᠨ ᠬᠦᠷᠢᠶᠡᠨ ᠳᠦ ᠲᠥᠷᠥ ᠶᠢᠨ 40 ᠭᠠᠷᠤᠢ ᠪᠠᠶᠢᠭᠤᠯᠤᠯᠭ᠎ᠠ ᠶᠢᠨ ᠴᠠᠬᠢᠮ ᠮᠡᠳᠡᠭᠡᠯᠡᠯ ᠦᠨ ᠰᠠᠩ ᠢ ᠪᠠᠶᠢᠷᠢᠰᠢᠭᠤᠯᠵᠤ᠂ ᠲᠥᠷᠥ ᠶᠢᠨ ᠮᠡᠳᠡᠭᠡᠯᠡᠯ ᠰᠣᠯᠢᠯᠴᠠᠭ᠎ᠠ ᠪᠠᠷ ᠳᠠᠮᠵᠢᠭᠤᠯᠤᠨ ᠲᠥᠷᠥ ᠡᠴᠡ ᠦᠵᠡᠭᠦᠯᠬᠦ ᠦᠢᠯᠡᠴᠢᠯᠡᠭᠡᠨ ᠦ ᠪᠠᠭᠠᠵᠢ ᠰᠠᠭᠤᠷᠢ ᠶᠢ ᠪᠤᠢ ᠪᠣᠯᠭᠠᠨ ᠪᠣᠯᠪᠠᠰᠤᠷᠠᠭᠤᠯᠤᠯᠲᠠ᠂ ᠬᠥᠭᠵᠢᠭᠦᠯᠦᠯᠲᠡ ᠶᠢ ᠬᠢᠵᠦ ᠭᠦᠢᠴᠡᠳᠭᠡᠨ᠂ ᠲᠥᠷᠥ ᠶᠢᠨ ᠪᠣᠯᠤᠨ ᠬᠤᠪ ᠤᠨ ᠬᠡᠪᠰᠢᠯ ᠦᠨ ᠨᠡᠶᠢᠲᠡ 1300 ᠭᠠᠷᠤᠢ ᠪᠠᠶᠢᠭᠤᠯᠤᠯᠭ᠎ᠠ ᠳᠤ ᠮᠡᠳᠡᠭᠡᠯᠡᠯ ᠦᠨ ᠲᠧᠭᠨᠣᠯᠣᠭᠢ ᠳᠤ ᠰᠠᠭᠤᠷᠢᠯᠠᠭᠰᠠᠨ ᠦᠢᠯᠡᠴᠢᠯᠡᠭᠡ ᠶᠢ ᠦᠵᠡᠭᠦᠯᠦᠨ ᠠᠵᠢᠯᠯᠠᠵᠤ ᠪᠠᠶᠢᠨ᠎ᠠ᠃

ᠣᠨ ᠴᠠᠭ ᠤᠨ ᠲᠣᠭᠠᠯᠠᠯ ᠢᠶᠠᠷ ᠤᠴᠠᠷᠠᠨ ᠵᠣᠯᠭᠠᠵᠤ ᠪᠤᠢ ᠰᠢᠨ᠎ᠡ ᠵᠢᠯ ᠳᠦ ᠪᠡᠨ
ᠣᠳᠣ ᠬᠡᠶᠢᠮᠣᠷᠢ ᠣᠷᠴᠢᠯᠠᠩ ᠤᠨ ᠰᠠᠶᠢᠨ ᠰᠠᠶᠢᠬᠠᠨ ᠪᠦᠬᠦᠨ ᠢᠶᠡᠷ ᠳᠦᠭᠦᠷᠡᠩ ᠪᠠᠶᠢᠬᠤ ᠶᠢ ᠪᠢᠯᠢᠭᠳᠡᠨ
ᠲᠠ ᠪᠦᠬᠦᠨ ᠳᠦ ᠪᠡᠨ ᠠᠵᠢᠯ ᠤᠨ ᠠᠮᠵᠢᠯᠲᠠ᠂ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠶ᠎ᠡ᠃
《ᠦᠨᠳᠦᠰᠦᠨ ᠦ ᠳᠠᠲ᠋ᠠ ᠲᠥᠪ》 ᠤᠲᠦᠭ