ᠦᠨᠳᠦᠰᠦᠨ ᠦ ᠳᠠᠲ᠋ᠠ ᠲᠥᠪ ᠨᠢ ᠮᠣᠩᠭᠣᠯ ᠤᠯᠤᠰ ᠲᠤ ᠴᠠᠬᠢᠮ ᠵᠠᠰᠠᠭᠯᠠᠯ ᠢ ᠬᠥᠭᠵᠢᠭᠦᠯᠬᠦ᠂ ᠴᠠᠬᠢᠮ ᠮᠣᠩᠭᠣᠯ᠂ ᠪᠦᠷᠢᠳᠬᠡᠯ ᠮᠡᠳᠡᠭᠡᠯᠡᠯ ᠦᠨ ᠨᠢᠭᠡᠳᠦᠭᠰᠡᠨ ᠲᠣᠭᠲᠠᠯᠴᠠᠭ᠎ᠠ ᠶᠢ ᠪᠤᠢ ᠪᠣᠯᠭᠠᠬᠤ᠂ ᠮᠡᠳᠡᠭᠡᠯᠡᠯ ᠦᠨ ᠠᠶᠤᠯ ᠦᠭᠡᠢ ᠪᠠᠶᠢᠳᠠᠯ ᠢ ᠬᠠᠩᠭᠠᠬᠤ ᠦᠨᠳᠦᠰᠦᠨ ᠦ ᠬᠥᠲᠥᠯᠪᠦᠷᠢ ᠨᠦᠭᠦᠳ ᠢ ᠬᠡᠷᠡᠭᠵᠢᠭᠦᠯᠬᠦ ᠠᠵᠢᠯ ᠤᠨ ᠬᠦᠷᠢᠶᠡᠨ ᠳᠦ ᠮᠣᠩᠭᠣᠯ ᠤᠯᠤᠰ ᠤᠨ ᠵᠠᠰᠠᠭ ᠤᠨ ᠭᠠᠵᠠᠷ – ᠍ ᠤᠨ 2009 ᠣᠨ ᠤ 06 ᠳ᠋ᠤᠭᠠᠷ ᠰᠠᠷ᠎ᠠ ᠶᠢᠨ 24 –ᠨᠢᠭᠢ ᠡᠳᠦᠷ ᠦᠨ 183 ᠳ᠋ᠤᠭᠠᠷ ᠲᠣᠭᠲᠠᠭᠠᠯ ᠢᠶᠠᠷ ᠪᠠᠶᠢᠭᠤᠯᠤᠭᠳᠠᠭᠰᠠᠨ ᠮᠣᠩᠭᠣᠯ ᠤᠯᠤᠰ ᠤᠨ ᠦᠨᠳᠦᠰᠦᠨ ᠦ ᠴᠠᠬᠢᠮ ᠮᠡᠳᠡᠭᠡᠯᠡᠯ ᠦᠨ ᠬᠠᠳᠠᠭᠠᠯᠠᠯᠲᠠ᠂ ᠬᠠᠮᠠᠭᠠᠯᠠᠯᠲᠠ᠂ ᠪᠣᠯᠪᠠᠰᠤᠷᠠᠭᠤᠯᠤᠯᠲᠠ ᠶᠢᠨ ᠦᠢᠯᠡᠴᠢᠯᠡᠭᠡ ᠡᠷᠬᠢᠯᠡᠬᠦ ᠦᠨᠳᠦᠰᠦᠨ ᠡᠭᠦᠷᠭᠡ ᠪᠦᠬᠦᠢ ᠤᠯᠤᠰ ᠤᠨ ᠲᠥᠰᠥᠪ ᠲᠦ ᠦᠢᠯᠡᠳᠪᠦᠷᠢ ᠶᠢᠨ ᠭᠠᠵᠠᠷ ᠶᠤᠮ᠃
ᠮᠣᠩᠭᠣᠯ ᠤᠯᠤᠰ ᠤᠨ ᠲᠥᠷᠥ ᠶᠢᠨ ᠮᠡᠳᠡᠭᠡᠯᠡᠯ ᠦᠨ ᠨᠢᠭᠡᠳᠦᠭᠰᠡᠨ ᠰᠠᠩ ᠢ ᠪᠤᠢ ᠪᠣᠯᠭᠠᠵᠤ᠂ ᠴᠠᠬᠢᠮ ᠮᠡᠳᠡᠭᠡᠯᠡᠯ ᠦᠨ ᠨᠢᠭᠡᠳᠦᠮᠡᠯ᠂ ᠰᠢᠭᠤᠷᠬᠠᠢ᠂ ᠬᠦᠷᠲᠡᠭᠡᠮᠵᠢᠲᠡᠢ ᠪᠠᠶᠢᠳᠠᠯ ᠢ ᠬᠠᠩᠭᠠᠭᠰᠠᠨ ᠦᠨᠳᠦᠰᠦᠨ ᠦ ᠬᠡᠮᠵᠢᠶᠡᠨ ᠦ ᠲᠥᠪ ᠪᠠᠶᠢᠭᠤᠯᠤᠯᠭ᠎ᠠ ᠪᠣᠯᠵᠤ ᠲᠥᠯᠥᠪᠰᠢᠨ᠎ᠡ᠃
ᠮᠣᠩᠭᠣᠯ ᠤᠯᠤᠰ ᠤᠨ ᠦᠨᠳᠦᠰᠦᠨ ᠦ ᠴᠠᠬᠢᠮ ᠮᠡᠳᠡᠭᠡᠯᠡᠯ ᠦᠨ
ᠪᠣᠯᠪᠠᠰᠤᠷᠠᠭᠤᠯᠤᠯᠲᠠ
ᠬᠥᠭᠵᠢᠭᠦᠯᠦᠯᠲᠡ
ᠬᠠᠳᠠᠭᠠᠯᠠᠯᠲᠠ᠂ ᠬᠠᠮᠠᠭᠠᠯᠠᠯᠲᠠ
ᠴᠠᠬᠢᠮ ᠵᠠᠰᠠᠭᠯᠠᠯ ᠬᠥᠲᠦᠯᠪᠦᠷᠢ ᠶᠢ ᠬᠡᠷᠡᠭᠵᠢᠭᠦᠯᠬᠦ ᠳᠦ ᠱᠠᠭᠠᠷᠳᠠᠭᠳᠠᠬᠤ
ᠳᠡᠳ᠋ ᠪᠦᠲᠦᠴᠡ ᠶᠢ ᠡᠭᠦᠰᠭᠡᠬᠦ
ᠲᠡᠭᠦᠨ ᠦ ᠬᠡᠪ ᠦᠨ ᠠᠵᠢᠯᠯᠠᠭ᠎ᠠ ᠶᠢ ᠬᠠᠩᠭᠠᠬᠤ
ᠰᠢᠭᠤᠷᠬᠠᠢ ᠦᠢᠯᠡᠴᠢᠯᠡᠭᠡ ᠦᠵᠡᠭᠦᠯᠬᠦ ᠳᠦ ᠳᠡᠮᠵᠢᠯᠭᠡ ᠦᠵᠡᠭᠦᠯᠬᠦ ᠳᠦ ᠣᠷᠣᠰᠢᠨ᠎ᠠ᠃
ᠲᠤᠰ ᠲᠥᠪ ᠨᠢ ᠡᠷᠬᠢᠯᠡᠬᠦ ᠦᠢᠯᠡ ᠠᠵᠢᠯᠯᠠᠭᠠᠨ ᠤ ᠦᠨᠳᠦᠰᠦᠨ ᠴᠢᠭᠯᠡᠯ ᠦᠨ ᠬᠦᠷᠢᠶᠡᠨ ᠳᠦ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠦᠨ ᠠᠵᠢᠯᠯᠠᠵᠤ ᠪᠠᠶᠢᠭ᠎ᠠ ᠪᠥᠭᠡᠳ ᠲᠥᠷᠥ ᠶᠢᠨ ᠦᠢᠯᠡᠴᠢᠯᠡᠭᠡᠨ ᠦ ᠴᠠᠬᠢᠮ ᠮᠠᠰᠢᠨ ᠤ ᠠᠰᠢᠭᠯᠠᠯᠲᠠ ᠦᠢᠯᠡᠴᠢᠯᠡᠭᠡ ᠶᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠵᠠᠬᠢᠷᠤᠮᠵᠢ ᠪᠠᠷ ᠬᠦᠯᠢᠶᠡᠨ ᠠᠪᠴᠤ᠂ ᠠᠰᠢᠭᠯᠠᠯᠲᠠ ᠦᠢᠯᠡᠴᠢᠯᠡᠭᠡ ᠶᠢ ᠬᠠᠷᠢᠭᠤᠴᠠᠨ ᠠᠵᠢᠯᠯᠠᠵᠤ ᠪᠠᠶᠢᠨ᠎ᠠ᠃